2020 12 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠡᠳᠦᠨ ᠵᠢᠯ ᠠᠴᠠ᠂ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠩᠬᠠᠷᠤᠯ ᠤᠨ ᠴᠡᠭ ᠪᠣᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ᠂ ᠡᠨᠡ ᠵᠢᠯ ᠪᠥᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠪᠥᠬᠦ ᠲᠠᠯ᠎ᠠ ᠪᠠᠷ ᠰᠢᠢᠳᠪᠦᠷᠢᠯᠡᠭᠳᠡᠪᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠢᠯᠡᠳᠬᠡᠬᠦ ᠳᠤ ᠪᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠦᠯᠦᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠤ ᠳᠠᠯᠳᠠ ᠭᠡᠮ ᠢ ᠲᠠᠰᠤᠷᠠᠯᠲᠠ ᠥᠬᠡᠶ ᠠᠷᠢᠯᠭᠠᠬᠤ ᠶᠢᠨ ᠲᠥᠯᠥᠭᠡ᠂ 2019 ᠣᠨ ᠪᠠ 2020 ᠣᠨ ᠳᠤ ᠥᠪᠥᠷ ᠮᠣᠩᠭᠤᠯ ᠬᠤᠶᠠᠷ ᠵᠢᠯ ᠳᠠᠷᠠᠭᠠᠯᠠᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠶᠡᠭᠡ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠳᠠᠯᠳᠠ ᠭᠡᠮ ᠪᠠ ᠠᠮᠤᠷ ᠲᠦᠪᠰᠢᠨ ᠤ ᠪᠠᠲᠤᠯᠠᠭ᠎ᠠ ᠯᠠᠪᠳᠠᠭᠤᠨ ᠪᠠᠲᠤᠲᠠᠶ ᠪᠤᠰᠤ ᠠᠰᠠᠭᠤᠳᠠᠯ ᠳᠤ ᠴᠡᠭᠴᠡᠯᠡᠨ ᠦᠭᠡᠷᠡᠴᠢᠯᠡᠬᠦ ᠡᠬᠡ ᠲᠠᠩᠰᠠ ᠪᠠᠶᠢᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠭᠠᠵᠠᠷ ᠳᠠᠷᠠᠭᠠᠯᠠᠨ ᠨᠠᠶᠢᠳᠠᠪᠤᠷᠢᠵᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠨᠡᠶᠢᠲᠡ 18.3 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠨᠢ ᠰᠢᠢᠳᠪᠦᠷᠢᠯᠡᠨ ᠦᠭᠴᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ ᠭᠡᠪᠡ᠃
︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠣᠷᠣᠨ ᠳᠤ ᠨᠡᠶᠢᠲᠡ 53.7 ᠳ᠋ᠦᠩᠰᠢᠭᠤᠷ ᠲᠥᠭᠦᠷᠢᠭ ᠤᠤᠭᠤᠬᠤ ᠤᠰᠤᠨ ᠤ ᠠᠮᠤᠷ ᠲᠦᠪᠰᠢᠨ ᠤ ᠪᠠᠯᠠ ᠮᠥᠩᠭᠦ ᠣᠷᠣᠭᠤᠯᠵᠤ᠂ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢ ᠨᠡᠶᠢᠲᠡ 1.5 ᠲᠦᠮᠡ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠰᠢᠨ᠎ᠡ ᠪᠠᠷ 2.4 ᠲᠦᠮᠡᠨ ᠤᠰᠤᠨ ᠬᠤᠳᠳᠤᠭ ᠢ ᠮᠠᠯᠲᠠᠨ᠂ ᠮᠠᠯᠵᠢᠬᠤ ᠣᠷᠣᠨ ᠤ ᠤᠰᠤ ᠬᠠᠳᠠᠭᠠᠯᠠᠬᠤ ᠵᠣᠭᠤᠷᠢ ᠶᠢ 1 ᠲᠦᠮᠡ ᠭᠠᠷᠤᠶ ᠪᠠᠶᠢᠭᠤᠯᠵᠤ᠂ ᠤᠰᠤ ᠴᠡᠪᠡᠷᠰᠢᠭᠦᠯᠬᠦ ᠲᠥᠬᠦᠭᠡᠷᠦᠮᠵᠢ ᠶᠢ 16.8 ᠲᠦᠮᠡᠨ ᠢᠵᠢ ᠤᠭᠰᠠᠷᠠᠨ᠂ 1.67 ᠲᠦᠮᠡᠨ ᠺᠢᠯᠣᠮᠧᠲᠷ ᠬᠤᠭᠤᠯᠠᠶ ᠭᠤᠤᠷᠰᠤ ᠶᠢᠨ ᠲᠣᠤᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ 430 ᠲᠦᠮᠡᠨ ᠮᠠᠯᠴᠢᠨ ᠲᠠᠷᠢᠶᠠᠴᠢᠨ ᠳᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠠᠰᠢᠭ ᠢ ᠬᠦᠷᠲᠡᠭᠡᠨ᠂ 18.3 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ 75 ᠲᠦᠮᠡᠨ ᠬᠦᠮᠦᠨ ᠤ ᠹᠯᠣᠷ᠂ ᠠᠷᠰᠧᠨ᠂ ᠢᠣᠳ᠋ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠰᠢᠢᠳᠪᠦᠷᠢᠯᠡᠨ᠂ ᠤᠤᠭᠤᠬᠤ ᠤᠰᠤᠨ ᠤ ᠬᠡᠯᠪᠡᠷᠢ ᠪᠦᠬᠦᠢ ᠣᠷᠤᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠡᠢ︔ 389 ᠰᠠᠭᠤᠷᠢ ᠭᠠᠰᠢᠭᠤᠨ ᠱᠣᠷᠪᠣᠭ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠤᠨ᠂ 10.3 ᠲᠦᠮᠡᠨ ᠬᠥᠮᠦᠨ ᠳᠤ ᠠᠰᠢᠭ ᠬᠦᠷᠲᠡᠭᠡᠪᠡ︔ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ 82 % ᠲᠤ ᠬᠦᠷᠴᠦ᠂ ᠡᠭᠦᠨ ᠳᠤ ᠬᠥᠬᠡᠬᠤᠲᠠ᠂ ᠪᠤᠭᠤᠲᠤ᠂ ᠪᠠᠶᠠᠨᠨᠠᠭᠤᠷ ᠵᠡᠷᠭᠡ ᠠᠶᠢᠮᠠᠭ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ ᠨᠣᠷᠮ᠎ᠠ 90 % ᠶᠢ ᠳᠠᠪᠠᠵᠠᠢ᠃
ᠣᠳᠣᠬᠠᠨ ᠳᠤ᠂ ᠪᠥᠬᠦ ᠣᠷᠣᠨ ᠤ ᠡᠯ᠎ᠡ ᠬᠤᠰᠢᠭᠤ ᠰᠢᠶᠠᠨ ᠴᠥᠮ ᠪᠠᠴᠢᠮ ᠪᠠᠶᠢᠳᠠᠯ ᠢ ᠤᠰᠤ ᠬᠠᠩᠭᠠᠬᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠳᠤ ᠴᠥᠮ ᠦᠨ᠎ᠡ ᠲᠣᠭᠲᠠᠭᠠᠨ᠂ ᠤᠰᠤᠨ ᠤ ᠰᠦᠢᠳᠬᠡᠯ ᠬᠤᠷᠢᠶᠠᠨ ᠲᠤᠰᠢᠶᠠᠬᠤ ᠨᠣᠷᠮ᠎ᠠ 95 % ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠳᠤ ︽ᠬᠠᠮᠢᠶᠠᠷᠬᠤ ᠬᠥᠮᠦᠨ ᠲᠠᠢ᠂ ᠬᠠᠮᠢᠶᠠᠷᠬᠤ ᠵᠣᠭᠤᠰ ᠲᠠᠢ︾ ᠪᠠᠶᠢᠬᠤ ᠰᠠᠶᠢᠨ ᠠᠵᠢᠯᠯᠠᠭᠠᠨ ᠤ ᠲᠣᠭᠲᠠᠴᠠ ᠶᠠᠭ ᠪᠦᠷᠢᠯᠳᠦᠵᠦ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠳᠠᠷᠤᠭ᠎ᠠ ᠭᠤᠤ ᠮᠢᠩ ᠲᠠᠩ ᠢᠯᠡᠳᠬᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠪᠠᠷ ᠳᠠᠮᠵᠢᠭᠤᠯᠤᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠤᠨ᠂ ᠪᠠᠷᠢᠯᠭ᠎ᠠ ᠶᠢᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠷᠠᠴᠢᠯᠠᠵᠤ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠤᠰᠤ ᠬᠠᠩᠭᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠦᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ ᠭᠡᠵᠡᠶ᠃