︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠬᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠶ ᠬᠦᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠨᠡᠶᠢᠭᠡᠮ ᠤᠨ ᠦᠨᠳᠦᠰᠦᠨ ᠦᠶᠯᠡᠴᠢᠯᠡᠭᠡ ᠵᠡᠷᠭᠡ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠤᠯᠪᠠ᠃ 12 ᠳ᠋ᠤᠭᠠᠷ ᠰᠠᠷ᠎ᠠ ᠶᠢᠨ 18 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠮᠠᠨ ᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠵᠢᠯ ᠳᠤᠮᠳᠠᠴᠢ ᠪᠠᠷ 61.12 ᠳ᠋ᠦᠩᠰᠢᠭᠤᠷ ᠲᠥᠭᠦᠷᠢᠭ ᠣᠷᠣᠭᠤᠯᠪᠠ᠃ ᠪᠥᠬᠦ ᠣᠷᠣᠨ ᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠵᠢᠯ ᠪᠦᠷᠢ ᠳᠤᠮᠳᠠᠴᠢ ᠪᠠᠷ 8.1% ᠪᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠶᠢ ᠵᠢᠯ ᠪᠦᠷᠢ ᠳᠤᠮᠳᠠᠴᠢ ᠪᠠᠷ 12.8% ᠪᠠᠷ ᠨᠡᠮᠡᠭᠳᠡᠭᠦᠯᠵᠦ᠂ ᠬᠤᠲᠠ ᠶᠢᠨ ᠣᠨᠴᠠ ᠬᠦᠴᠢᠷᠳᠡᠯᠲᠡᠶ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠪᠦᠷᠢ ᠳᠤᠮᠳᠠᠴᠢ ᠪᠠᠷ 17.3% ᠪᠠᠷ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠦᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠪᠦᠷᠢ ᠳᠤᠮᠳᠠᠴᠢ ᠪᠠᠷ 20.7% ᠪᠠᠷ ᠨᠡᠮᠡᠭᠳᠡᠭᠦᠯᠵᠦ᠂ ᠪᠥᠬᠦ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ 164 ᠲᠦᠮᠡᠨ ᠬᠥᠮᠥᠨ᠂ 9.5 ᠲᠦᠮᠡᠨ ᠣᠨᠴᠠ ᠬᠦᠴᠢᠷᠳᠡᠯᠲᠡᠶ ᠬᠥᠮᠦᠰ᠂ 4500 ᠭᠠᠷᠤᠶ ᠥᠨᠥᠴᠢᠨ ᠬᠡᠦᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠤᠨ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠪᠠ᠃ ᠲᠦᠷ ᠴᠠᠭ ᠲᠡᠩᠬᠡᠷᠡᠭᠦᠯᠦᠨ ᠲᠤᠰᠠᠯᠠᠭᠰᠠᠨ ᠬᠦᠴᠢᠷᠳᠡᠯᠲᠡᠶ ᠣᠯᠠᠨ ᠲᠦᠮᠡᠨ ᠨᠡᠶᠢᠲᠡ 124.04 ᠲᠦᠮᠡᠨ ᠬᠥᠮᠦᠨ ᠤᠳᠠᠭ᠎ᠠ ᠳᠤ ᠬᠦᠷᠴᠦ᠂ ᠲᠦᠷ ᠴᠠᠭ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ 16.05 ᠳ᠋ᠦᠩᠰᠢᠭᠤᠷ ᠲᠥᠭᠦᠷᠢᠭ ᠵᠠᠷᠤᠴᠠᠭᠤᠯᠪᠠ᠃ 2017 ᠣᠨ ᠠᠴᠠ 2019 ᠣᠨ ᠪᠣᠯᠲᠠᠯ᠎ᠠ᠂ ᠮᠠᠨ ᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠠᠵᠢᠯ ᠨᠢ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠠᠮᠵᠢᠯᠲᠠ ᠪᠦᠲᠦᠮᠵᠢ ᠶᠢᠨ ᠦᠨᠡᠯᠡᠯᠲᠡ ᠳᠤ ᠭᠤᠷᠪᠠᠨ ᠵᠢᠯ ᠳᠠᠷᠠᠭᠠᠯᠠᠨ ᠪᠥᠬᠦ ᠤᠯᠤᠰ ᠲᠤ ᠲᠡᠷᠢᠭᠦᠯᠡᠪᠡ᠃
2020 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠪᠣᠯᠪᠠᠴᠤ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ 1.32 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠶᠠᠳᠠᠭᠤᠷᠠᠵᠤ ᠮᠡᠳᠡᠬᠦ ᠬᠤᠶᠠᠷ ᠤᠨ ᠬᠤᠭᠤᠷᠣᠨᠳᠣ ᠪᠠᠶᠢᠭ᠎ᠠ 1.83 ᠲᠦᠮᠡᠨ ᠶᠠᠳᠠᠭᠤ ᠬᠦᠴᠢᠷᠳᠡᠯᠲᠡᠶ ᠬᠥᠮᠥᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠪᠦᠲᠦᠮᠵᠢᠲᠡᠶ ᠬᠦᠴᠦᠨ ᠨᠡᠮᠡᠷᠢᠯᠡᠪᠡ᠃
︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ︽ᠭᠡᠷ ᠲᠤ ᠪᠠᠨ ᠰᠠᠭᠤᠵᠤ ᠰᠣᠪᠢᠯᠠᠬᠤ ᠪᠠ ᠨᠡᠶᠢᠭᠡᠮ ᠲᠣᠭᠤᠷᠢᠭ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠠᠰᠠᠷᠠᠯ ᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ︾ ᠪᠠᠷ ᠭᠤᠤᠯ ᠰᠢᠵᠢᠮ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠪᠡ᠃ ᠣᠳᠣᠬᠠᠨ ᠳᠤ ᠪᠦᠬᠦ ᠣᠷᠣᠨ ᠳᠤ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠲᠠᠯᠠᠪᠤᠷ ᠢ ᠨᠢᠭᠡᠨᠲᠡ 3242 ᠢ ᠪᠠᠶᠢᠭᠤᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 34% ᠪᠠᠷ ᠨᠡᠮᠡᠭᠳᠡᠵᠦ᠂ ᠣᠷᠣ ᠶᠢᠨ ᠲᠤᠭ᠎ᠠ ᠨᠡᠶᠢᠲᠡ 25.1 ᠲᠦᠮᠡ ᠪᠣᠯᠵᠤ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 13.2% ᠢᠶᠠᠷ ᠨᠡᠮᠡᠭᠳᠡᠪᠡ᠃ 4 ᠵᠢᠯ ᠳᠠᠷᠠᠭᠠᠯᠠᠨ ᠪᠥᠬᠦ ᠣᠷᠣᠨ ᠳᠤ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃