ᠪᠦ᠋ ᠰᠢᠶᠤᠤ ᠯᠢᠨ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠵᠠᠰᠠᠬ ᠤᠨ ᠤᠷᠳᠤᠨ ᠤ ᠵᠦᠪᠳᠡᠭᠴᠢ ᠪᠤᠯᠤᠨ ᠲᠤᠰᠬᠠᠢ ᠮᠡᠷᠭᠡᠵᠢᠯᠳᠡᠨ ᠡᠷᠳᠡᠮᠳᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠥ ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ 2021 ᠣᠨ ᠤ ᠠᠵᠢᠯ ᠵᠢᠴᠢ ︽ᠠᠷᠪᠠᠨ ᠳᠦᠷᠪᠡᠳᠦᠬᠡᠷ ᠳᠠᠪᠤᠨ ᠵᠢᠯ︾ ᠤᠨ ᠬᠦᠭᠵᠢᠯᠳᠡ ᠶᠢᠨ ᠳᠤᠬᠠᠢ ᠰᠠᠨᠠᠯ ᠰᠠᠨᠠᠭᠤᠯᠭ᠎ᠠ ᠶᠢ ᠨᠢ ᠰᠤᠨᠤᠰᠴᠠᠢ
2020 12 ᠳ᠋ᠤᠭᠠᠷ ᠰᠠᠷ᠎ᠠ ᠶᠢᠨ 23 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠥ᠂ ᠬᠡᠰᠡᠭ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ᠂ ᠵᠠᠰᠠᠬ ᠤᠨ ᠤᠷᠳᠤᠨ ᠤ ᠵᠦᠪᠳᠡᠭᠴᠢ ᠪᠤᠯᠤᠨ ᠲᠤᠰᠬᠠᠢ ᠮᠡᠷᠭᠡᠵᠢᠯᠳᠡᠨ ᠡᠷᠳᠡᠮᠳᠡᠨ ᠤ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2021 ᠣᠨ ᠤ ᠠᠵᠢᠯ ᠵᠢᠴᠢ ︽ᠠᠷᠪᠠᠨ ᠳᠦᠷᠪᠡᠳᠦᠬᠡᠷ ᠳᠠᠪᠤᠨ ᠵᠢᠯ︾ ᠤᠨ ᠬᠦᠭᠵᠢᠯᠳᠡ ᠶᠢᠨ ᠳᠤᠬᠠᠢ ᠰᠠᠨᠠᠯ ᠰᠠᠨᠠᠭᠤᠯᠭ᠎ᠠ ᠶᠢ ᠨᠢ ᠰᠤᠨᠤᠰᠪᠠ᠃
ᠶᠠᠷᠢᠯᠴᠠᠬᠤ ᠬᠤᠷᠠᠯ ᠳᠡᠬᠡᠷ᠎ᠡ ᠵᠤᠤ ᠶᠦᠨ ᠫᠢᠩ᠂ ᠯᠢ ᠱᠦ ᠷᠦᠩ᠂ ᠵᠤᠤ ᠬᠠᠢ ᠫᠢᠩ᠂ ᠵᠠᠩ ᠯᠢ ᠫᠢᠩ᠂ ᠴᠢᠩ ᠾᠧ᠂ ᠬᠠᠩ ᠱᠤᠸᠠᠨ ᠵᠦ᠂ ᠠᠨ ᠵᠢᠩ ᠽᠧ᠂ ᠵᠠᠢ ᠰᠢᠦ᠂ ᠪᠤᠤ ᠰᠡᠴᠡᠨ᠂ ᠴᠢᠶᠤᠤ ᠭᠤᠸᠠᠩ ᠬᠤᠸᠠ᠂ ᠯᠢ ᠶᠢᠩ ᠲᠦᠩ᠂ ᠶᠠᠩ ᠶᠦᠩ ᠱᠧᠩ ᠵᠡᠷᠬᠡ 12 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ᠂ ᠵᠠᠰᠠᠬ ᠤᠨ ᠤᠷᠳᠤᠨ ᠤ ᠵᠦᠪᠳᠡᠭᠴᠢ ᠪᠤᠯᠤᠨ ᠲᠤᠰᠬᠠᠢ ᠮᠡᠷᠭᠡᠵᠢᠯᠳᠡᠨ ᠡᠷᠳᠡᠮᠳᠡᠨ ᠤᠷᠢᠳ ᠬᠤᠵᠢᠳ ᠦᠬᠡ ᠬᠡᠯᠡᠵᠥ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠬᠤ᠂ ᠠᠵᠥ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠵᠡᠷᠬᠡ ᠠᠭᠤᠯᠭ᠎ᠠ ᠶᠢᠨ ᠳᠤᠭᠤᠷᠢᠨ ᠳᠤ ᠰᠠᠨᠠᠯ ᠰᠠᠨᠠᠭᠤᠯᠭ᠎ᠠ ᠪᠠᠨ ᠳᠤᠷᠠᠳᠴᠠᠢ᠃
ᠪᠦ᠋ ᠰᠢᠶᠤᠤ ᠯᠢᠨ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠤᠨᠤᠰᠴᠤ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠳᠢᠩᠬᠢᠮ᠂ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ᠬᠢᠨ ᠢ ᠤᠯᠠᠨ ᠤ ᠳᠤᠷᠠᠳᠤᠬᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠥ᠂ ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠳᠠᠷᠠᠭ᠎ᠠ ᠵᠢᠯ ᠤᠨ ᠠᠵᠢᠯ ᠪᠤᠯᠤᠨ ︽ᠠᠷᠪᠠᠨ ᠳᠦᠷᠪᠡᠳᠦᠬᠡᠷ ᠳᠠᠪᠤᠨ ᠵᠢᠯ︾ ᠤᠨ ᠳᠦᠯᠦᠪᠵᠢᠬᠦᠯᠬᠡ ᠳᠤ ᠰᠢᠩᠬᠡᠬᠡᠵᠥ ᠤᠷᠤᠭᠤᠯᠬᠤ ᠶᠢ ᠱᠠᠭᠠᠷᠳᠠᠪᠠ᠃
ᠪᠦ᠋ ᠰᠢᠶᠤᠤ ᠯᠢᠨ᠂ ᠪᠦᠬᠦ ᠤᠯᠤᠰ ᠲᠠᠢ ᠠᠳᠠᠯᠢ ᠪᠠᠷ ︽ᠠᠷᠪᠠᠨ ᠳᠦᠷᠪᠡᠳᠦᠬᠡᠷ ᠳᠠᠪᠤᠨ ᠵᠢᠯ︾ ᠤᠨ ᠬᠤᠭᠤᠴᠠᠭ᠎ᠠ ᠪᠤᠯ ᠪᠢᠳᠡᠨ ᠤ ᠬᠦᠭᠵᠢᠯᠳᠡ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠳᠤᠬᠢᠶᠠᠯᠳᠤ ᠬᠤᠭᠤᠴᠠᠭ᠎ᠠ ᠪᠤᠯᠤᠨ᠎ᠠ᠃ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠪᠤᠯᠤᠨ ᠳᠦᠪ ᠤᠨ ᠠᠵᠥ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠦ ᠂ ᠨᠠᠮ ᠤᠨ ᠳᠦᠪ ᠬᠤᠷᠢᠶᠠᠨ ᠤ ᠤᠳᠤᠬᠠᠨ ᠤ ᠪᠠᠶᠢᠳᠠᠯ ᠤᠨ ᠳᠤᠬᠠᠢ ᠮᠠᠭᠠᠳᠯᠠᠯᠳᠠ ᠶᠢ ᠤᠨᠤᠪᠴᠢᠳᠠᠢ ᠡᠵᠡᠮᠳᠡᠨ᠂ ᠰᠢᠰᠲ᠋ᠧᠮᠲᠤ ᠦᠵᠡᠯᠳᠡ ᠶᠢ ᠪᠠᠷᠢᠮᠳᠠᠯᠠᠵᠤ᠂ ᠤᠷᠢᠳᠠᠴᠢ ᠴᠢᠨᠠᠷᠳᠠᠢ ᠪᠤᠳᠤᠯᠬᠢᠯᠠᠯ᠂ ᠪᠦᠬᠦ ᠳᠠᠯ᠎ᠠ ᠶᠢᠨ ᠴᠢᠨᠠᠷᠳᠠᠢ ᠳᠦᠯᠦᠪᠵᠢᠬᠦᠯᠬᠡ ᠶᠢ ᠴᠢᠩᠭᠠᠳᠬᠠᠨ᠂ ᠦᠪᠡᠷᠳᠡᠬᠡᠨ ᠵᠠᠰᠠᠬᠤ ᠤᠷᠤᠨ ᠤ ᠪᠠᠶᠢᠳᠠᠯ ᠢ ᠨᠡᠪᠳᠡ ᠰᠤᠳᠤᠯᠵᠤ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠳᠠᠷᠠᠭ᠎ᠠ ᠵᠢᠯ ᠵᠢᠴᠢ ︽ᠠᠷᠪᠠᠨ ᠳᠦᠷᠪᠡᠳᠦᠬᠡᠷ ᠳᠠᠪᠤᠨ ᠵᠢᠯ︾ ᠤᠨ ᠲᠦᠯᠥᠪᠵᠢᠭᠥᠯᠭᠡ ᠶᠢᠨ ᠬᠤᠭᠤᠴᠠᠭᠠᠨ ᠤ ᠠᠵᠢᠯ ᠢ ᠰᠠᠶᠢᠳᠤᠷ ᠳᠦᠯᠦᠪᠵᠢᠬᠦᠯᠬᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠳᠤᠬᠠᠢ ᠨᠠᠮ ᠤᠨ ᠳᠦᠪ ᠬᠤᠷᠢᠶᠠᠨ ᠤ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠬᠳᠠᠭᠠᠯᠳᠠ ᠶᠢ ᠤᠨᠤᠪᠴᠢᠳᠠᠢ ᠡᠵᠡᠮᠳᠡᠵᠥ᠂ ᠤᠯᠤᠰ ᠤᠨ ᠡᠨᠧᠷᠬᠢ ᠶᠢᠨ ᠠᠮᠤᠷ ᠳᠦᠪᠰᠢᠨ᠂ ᠠᠮᠤ ᠪᠤᠳᠠᠭᠠᠨ ᠤ ᠠᠮᠤᠷ ᠳᠦᠪᠰᠢᠨ᠂ ᠠᠵᠥ ᠦᠢᠯᠡᠰ ᠤᠨ ᠠᠮᠤᠷ ᠳᠦᠪᠰᠢᠨ᠂ ᠠᠮᠢ ᠠᠬᠤᠢ ᠶᠢᠨ ᠠᠮᠤᠷ ᠳᠦᠪᠰᠢᠨ ᠢ ᠨᠡᠩ ᠰᠠᠶᠢᠳᠤᠷ ᠪᠠᠳᠤᠯᠠᠬᠤ ᠳᠤᠭᠤᠷᠢᠨ ᠳᠤ ᠤᠳᠤ ᠦᠶ᠎ᠡ ᠶᠢᠨ ᠠᠵᠥ ᠦᠢᠯᠡᠰ ᠤᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠥ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠶᠢ ᠪᠦᠳᠦᠬᠡᠨ ᠪᠠᠶᠢᠭᠤᠯᠬᠤ ᠳᠤᠭᠤᠷᠢᠨ ᠳᠤ ᠨᠡᠩ ᠦᠨᠳᠦᠷ ᠳᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠠᠬᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃