ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︽ᠠᠷᠪᠠᠨ ᠭᠤᠷᠪᠠᠳᠤᠭᠠᠷ ᠲᠠᠪᠤᠨ ᠵᠢᠯ︾ ᠳᠠᠬᠢ ᠮᠠᠨ ᠤ ᠤᠷᠤᠨ ᠤ ᠤᠯᠠᠨ ᠨᠡᠶᠢᠲᠡ ᠶᠢᠨ ᠰᠤᠶᠤᠯ ᠤᠨ ᠬᠦᠭᠵᠢᠯᠲᠡ ᠶᠢᠨ ᠠᠮᠵᠢᠯᠲᠠ ᠪᠦᠲᠦᠮᠵᠢ ᠶᠢᠨ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠠ |
ᠴᠠᠭ 2020/12/29 14:29:54
|
2020 12 ᠰᠠᠷ᠎ᠠ ᠶᠢᠨ 29 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠳᠠᠬᠢ ᠮᠠᠨ ᠤ ᠤᠷᠤᠨ ᠤ ᠤᠯᠠᠨ ᠨᠡᠶᠢᠲᠡ ᠶᠢᠨ ᠰᠤᠶᠤᠯ ᠤᠨ ᠬᠦᠭᠵᠢᠯᠲᠡ ᠶᠢᠨ ᠠᠮᠵᠢᠯᠲᠠ ᠪᠦᠲᠦᠮᠵᠢ ᠶᠢᠨ ᠲᠤᠬᠠᠢ ᠰᠤᠨᠢᠨ ᠮᠡᠳᠡᠭᠡ ᠨᠡᠶᠢᠳᠡᠯᠡᠪᠡ᠃
ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠵᠧᠩ ᠬᠤᠩ ᠹᠠᠨ ᠪᠦᠬᠦ ᠤᠷᠤᠨ ᠤ ᠤᠯᠠᠨ ᠨᠡᠶᠢᠲᠡ ᠶᠢᠨ ᠰᠤᠶᠤᠯ ᠤᠨ ᠬᠦᠭᠵᠢᠯᠲᠡ ᠶᠢᠨ ᠠᠮᠵᠢᠯᠲᠠ ᠪᠦᠲᠦᠮᠵᠢ ᠶᠢᠨ ᠲᠤᠬᠠᠢ ᠰᠤᠨᠢᠨ ᠮᠡᠳᠡᠭᠡ ᠶᠢ ᠨᠡᠶᠢᠳᠡᠯᠡᠪᠡ᠃ ᠲᠠᠪᠤᠨ ᠵᠢᠯ ᠤᠨ ᠲᠤᠷᠰᠢ᠂ ᠦᠪᠡᠷᠲᠡᠭᠡᠨ ᠵᠠᠰᠠᠬᠤ ᠤᠷᠤᠨ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠠᠮᠢᠳᠤᠯᠢᠭ ᠦᠢᠯᠡᠳᠦᠯᠭᠡ ᠯᠦᠭᠡ ᠨᠢᠭᠲᠠ ᠤᠶᠠᠯᠳᠤᠭᠤᠯᠤᠨ᠂ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠪᠦᠲᠦᠭᠡᠯ᠂ ᠦᠵᠡᠰᠭᠦᠯᠡᠩ ᠵᠡᠷᠭᠡ ᠶᠢ ᠠᠰᠢᠬᠯᠠᠨ ᠰᠢᠨ᠎ᠡ ᠦᠵᠡᠯ ᠰᠠᠨᠠᠭ᠎ᠠ ᠶᠢ ᠤᠯᠠᠮᠵᠢᠯᠠᠨ᠂ ᠢᠳᠡᠪᠬᠢ ᠬᠦᠴᠦᠨ ᠢ ᠬᠥᠭᠵᠢᠭᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ︽ᠭᠤᠷᠪᠠᠨ ᠤᠷᠳᠤᠨ ᠨᠢᠭᠡ ᠦᠷᠲᠡᠭᠡ︾ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ︽ᠤᠶᠤᠨᠲᠤ ᠷᠠᠳᠢᠣ᠋ ᠲᠧᠯᠸᠢᠰ︾ ᠤᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠪᠡᠶ᠎ᠡ ᠴᠢᠬᠢᠷᠠᠭᠵᠢᠭᠤᠯᠬᠤ ᠲᠦᠭᠦᠭᠡᠷᠦᠮᠵᠢ ᠶᠢ ᠪᠦᠲᠦᠭᠡᠨ ᠪᠠᠶᠢᠭᠤᠯᠬᠤ ᠶᠢᠨ ᠬᠠᠮᠲᠤ ᠲᠤᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠨ ᠠᠷᠠᠳ ᠤᠯᠠᠨ ᠤ ᠳᠡᠷᠭᠡᠳᠡᠬᠢ ᠤᠯᠠᠨ ᠨᠡᠶᠢᠲᠡ ᠶᠢᠨ ᠰᠤᠶᠤᠯ ᠤᠨ ᠲᠦᠭᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠡᠢ᠃ ᠪᠥᠬᠦ ᠣᠷᠣᠨ ᠤ ᠡᠯ᠎ᠡ ᠱᠠᠲᠤᠨ ᠤ ᠰᠣᠶᠣᠯ ᠤᠷᠠᠯᠢᠭ ᠤᠨ ᠪᠦᠯᠬᠦᠮ ᠤᠨ ᠬᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠣᠯᠪᠠ᠃ ᠪᠦᠬᠦ ᠤᠷᠤᠨ ᠡᠯ᠎ᠡ ᠲᠦᠷᠦᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠪᠠ ᠤᠷᠤᠯᠳᠤᠭᠠᠨ ᠵᠡᠷᠭᠡ ᠶᠢ ᠡᠷᠬᠢᠯᠡᠬᠦ ᠪᠠᠷ ᠳᠠᠮᠵᠢᠨ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠳᠠᠶᠢᠴᠢᠯᠠᠭᠰᠠᠨ ᠪᠠᠶᠢᠨ᠎ᠠ᠃ ᠰᠣᠳᠣᠨ ᠪᠦᠲᠦᠭᠡᠯ ᠵᠤᠬᠢᠶᠠᠨ ᠪᠦᠲᠦᠬᠡᠬᠦ ᠶᠢ ᠴᠢᠩᠭᠠᠷᠠᠭᠤᠯᠤᠨ᠂ ᠥᠪᠥᠷ ᠮᠣᠩᠭᠤᠯ ᠤᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠦᠵᠦ ᠲᠥᠯᠥᠪᠯᠡᠭᠡ ᠶᠢ ᠴᠢᠩᠭᠠᠳᠬᠠᠨ᠂ ᠣᠷᠣᠭᠤᠯᠤᠯᠲᠠ ᠶᠢ ᠪᠠᠲᠤᠯᠠᠵᠤ᠂ ᠬᠢᠨᠠᠨ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠡᠷᠡᠭᠦᠯ ᠢᠶᠠᠷ ᠬᠥᠭᠵᠢᠯᠳᠡ ᠶᠢ ᠠᠬᠢᠭᠤᠯᠤᠭᠰᠠᠨ ᠪᠠᠶᠢᠨ᠎ᠠ᠃ ᠬᠤᠷᠠᠯ ᠲᠡᠬᠡᠷ᠎ᠠ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ᠂ ᠷᠠᠳᠢᠣ᠋ ᠲᠧᠯᠸᠢᠰ ᠤᠨ ᠲᠤᠪᠴᠢᠶ᠎ᠠ᠂ ᠪᠡᠶ᠎ᠡ ᠶᠢᠨ ᠲᠠᠮᠢᠷ ᠤᠨ ᠲᠤᠪᠴᠢᠶ᠎ᠠ᠂ ᠦᠭᠡᠷᠡᠴᠢᠯᠡᠯᠲᠡ ᠪᠠ ᠬᠦᠭᠵᠢᠭᠦᠯᠦᠯᠲᠡ ᠶᠢᠨ ᠵᠦᠪᠯᠡᠯ ᠪᠠ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |
010039 0471 522262511