2020 ᠤᠨ ᠤ 12 ᠰᠠᠷ᠎ᠠ ᠶᠢᠨ 30 ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ 2020 ᠤᠨ ᠤ ᠠᠷᠪᠠᠨ ᠳᠤᠯᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ᠂ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠬᠤ ᠠᠵᠢᠯ ᠢ ᠴᠢᠨᠠᠬᠰᠢᠳᠠ ᠰᠠᠶᠢᠳᠤᠷ ᠬᠢᠬᠦ ᠳᠤᠬᠠᠢ ᠰᠤᠳᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃
ᠵᠠᠰᠠᠬ ᠤᠨ ᠤᠷᠳᠤᠨ ᠤ ᠤᠳᠤᠷᠢᠳᠬᠤ ᠪᠠᠬ ᠤᠨ ᠪᠦᠷᠢᠯᠳᠦᠬᠦᠨ ᠵᠠᠩ ᠱᠤᠤ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ ᠬᠤᠸᠠᠩ ᡁᠢ ᠴᠢᠶᠠᠩ ᠳᠦᠷᠦᠬᠦᠯᠡᠨ ᠡᠬᠦᠷᠬᠡ ᠶᠢ ᠭᠦᠢᠴᠡᠳᠭᠡᠨ ᠴᠡᠭᠴᠡᠯᠡᠨ ᠰᠠᠶᠢᠵᠢᠷᠠᠭᠤᠯᠵᠥ ᠨᠠᠶᠢᠳᠠᠪᠤᠷᠢᠵᠢᠭᠤᠯᠤᠬᠰᠠᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠬᠦᠯᠵᠥ᠂ ᠤᠳᠤᠷᠢᠳᠬᠤ ᠪᠠᠬ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠬᠠᠷᠢᠭᠤ ᠮᠡᠳᠡᠬᠦᠯᠵᠡᠢ᠃
ᠪᠦ᠋ ᠰᠢᠶᠤᠤ ᠯᠢᠨ᠂ ᠠᠰᠠᠭᠤᠳᠠᠯ ᠢ ᠴᠡᠭᠴᠡᠯᠡᠨ ᠵᠠᠰᠠᠬᠤ ᠶᠢ ᠰᠠᠶᠢᠳᠤᠷ ᠠᠳᠬᠤᠬᠤ᠂ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠪᠤᠯ ᠤᠯᠤᠰ ᠳᠦᠷᠦ ᠶᠢᠨ ᠡᠬᠦᠷᠬᠡ᠂ ᠤᠯᠤᠰ ᠳᠦᠷᠦ ᠶᠢᠨ ᠬᠠᠷᠢᠭᠤᠴᠠᠯᠭ᠎ᠠ ᠮᠦᠨ᠃ ᠤᠯᠤᠰ ᠳᠦᠷᠦ ᠶᠢᠨ ᠠᠰᠠᠭᠤᠳᠠᠯ ᠢ ᠤᠯᠤᠰ ᠳᠦᠷᠦ ᠪᠠᠷ ᠰᠢᠢᠳᠪᠦᠷᠢᠯᠡᠬᠦ ᠶᠢ ᠪᠠᠷᠢᠮᠳᠠᠯᠠᠵᠥ᠂ ᠨᠠᠮ ᠤᠨ ᠤᠯᠤᠰ ᠳᠦᠷᠦ ᠶᠢᠨ ᠪᠠᠶᠢᠭᠤᠯᠤᠯᠳᠠ ᠶᠢ ᠴᠦᠬᠦᠷᠡᠰᠢ ᠦᠬᠡᠢ ᠴᠢᠩᠭᠠᠳᠬᠠᠬᠤ ᠬᠡᠷᠡᠭᠳᠡᠢ᠃ ᠳᠤᠬ ᠳᠡᠮᠳᠡᠭ ᠳᠤᠳᠤᠷᠬᠠᠢ ᠪᠠᠷ ᠤᠯᠤᠰ ᠳᠦᠷᠦ ᠶᠢ ᠡᠷᠬᠢᠮᠯᠡᠬᠦ ᠶᠢ ᠳᠡᠷᠢᠬᠦᠨ ᠴᠢᠬᠤᠯᠠ ᠱᠠᠭᠠᠷᠳᠠᠯᠭ᠎ᠠ ᠪᠤᠯᠭᠠᠵᠥ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠪᠤᠯ ᠨᠠᠮ ᠤᠨ ᠬᠠᠮᠤᠭ ᠤᠨ ᠳᠡᠬᠡᠳᠤ ᠤᠯᠤᠰ ᠳᠦᠷᠦ ᠶᠢᠨ ᠵᠠᠷᠴᠢᠮ ᠪᠤᠯᠤᠨ ᠦᠨᠳᠦᠰᠦᠨ ᠤᠯᠤᠰ ᠳᠦᠷᠦ ᠶᠢᠨ ᠶᠤᠰᠤ ᠳᠦᠷᠢᠮ ᠪᠤᠯᠬᠤ ᠶᠢ ᠢᠮᠠᠬᠳᠠ ᠪᠠᠳᠤ ᠴᠡᠬᠡᠵᠢᠯᠡᠵᠥ᠂ ᠤᠴᠢᠷ ᠶᠠᠪᠤᠳᠠᠯ ᠳᠤ ᠳᠤᠯᠭᠠᠷᠠᠬᠤ᠂ ᠠᠵᠢᠯ ᠢ ᠳᠦᠯᠦᠪᠵᠢᠬᠦᠯᠦᠨ ᠠᠬᠢᠭᠤᠯᠬᠤ ᠳᠠᠭᠠᠨ ᠡᠷᠬᠡᠪᠰᠢ ᠴᠢᠩᠭ᠎ᠠ ᠪᠠᠷᠢᠮᠵᠢᠶᠠᠯᠠᠨ ᠬᠠᠷᠭᠤᠭᠤᠯᠵᠥ᠂ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠲᠠᠢ ᠳᠡᠬᠡᠳᠤ ᠬᠡᠮᠵᠢᠶ᠎ᠡ ᠪᠠᠷ ᠨᠢᠬᠡᠳᠦᠯᠳᠡᠢ ᠪᠠᠶᠢᠬᠤ ᠬᠡᠷᠡᠭᠳᠡᠢ᠃ ᠤᠨᠤᠯ ᠤᠨ ᠵᠡᠪᠰᠡᠭᠯᠡᠯ ᠢ ᠴᠢᠩᠭᠠᠳᠬᠠᠬᠤ ᠶᠢ ᠤᠷᠳᠤ ᠬᠤᠭᠤᠴᠠᠭᠠᠨ ᠤ ᠡᠬᠦᠷᠬᠡ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠤᠨ ᠳᠤᠬᠠᠢ ᠴᠢᠬᠤᠯᠠ ᠦᠬᠦᠯᠡᠯᠳᠡ᠂ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠦᠷᠬᠦᠯᠵᠢᠯᠡᠨ ᠬᠦᠨᠵᠡᠬᠡᠢ ᠰᠤᠷᠤᠯᠴᠠᠨ ᠦᠢᠯᠠᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃
ᠪᠦ᠋ ᠰᠢᠶᠤᠤ ᠯᠢᠨ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠴᠢᠩᠭ᠎ᠠ ᠪᠤᠳᠠᠳᠠᠢ ᠪᠠᠷ ᠬᠦᠨᠵᠡᠬᠡᠶᠢᠷᠡᠭᠦᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠰᠠᠶᠢᠳᠤᠷ ᠡᠬᠦᠷᠬᠡᠯᠡᠬᠦ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠥ᠂ ᠦᠨᠳᠦᠰᠦᠳᠡᠨ ᠤ ᠠᠵᠢᠯ ᠳᠤᠮᠳᠠ ᠤᠷᠤᠰᠢᠵᠥ ᠪᠠᠶᠢᠭ᠎ᠠ ᠬᠦᠨ ᠳᠠᠪᠬᠤᠷᠭ᠎ᠠ ᠶᠢᠨ ᠵᠦᠷᠢᠴᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠳᠡᠢ᠃ ᠢᠯᠠᠩᠭᠤᠶ᠎ᠠ ᠵᠠᠷᠢᠮ ᠨᠡᠶᠢᠳᠡᠮ ᠤᠷᠤᠰᠢᠬᠤ ᠠᠰᠠᠭᠤᠳᠠᠯ᠂ ᠲᠦᠢᠯᠪᠤᠷᠢᠳᠠᠢ ᠵᠠᠰᠠᠵᠤ ᠳᠡᠶᠢᠯᠦᠭᠡ ᠦᠭᠡᠢ ᠠᠰᠠᠭᠤᠳᠠᠯ᠂ ᠳᠠᠬᠢᠨ ᠳᠠᠪᠳᠠᠨ ᠢᠯᠡᠷᠡᠬᠦ ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠬᠡᠪᠰᠢ ᠭᠦᠨᠵᠡᠭᠡᠢ ᠠᠭᠤᠳᠠᠯᠵᠥ᠂ ᠠᠯᠳᠠᠭ᠎ᠠ ᠪᠤᠷᠤᠭᠤ ᠪᠠᠨ ᠵᠠᠰᠠᠨ ᠵᠠᠯᠠᠷᠠᠭᠤᠯᠵᠤ᠂ ᠪᠦᠬᠦ ᠳᠠᠯ᠎ᠠ ᠪᠠᠷ ᠳᠦᠢᠯᠪᠤᠷᠢᠳᠠᠢ ᠴᠡᠭᠴᠡᠯᠡᠨ ᠵᠠᠰᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠳᠠᠬᠢ ᠬᠡᠯᠪᠡᠷᠢᠴᠢ ᠦᠵᠡᠯ ᠢ ᠡᠷᠡᠰ ᠰᠡᠷᠭᠡᠶᠢᠯᠡᠬᠦ ᠬᠡᠷᠡᠭᠳᠡᠢ ᠬᠡᠵᠥ ᠴᠢᠬᠤᠯᠠᠴᠢᠯᠠᠪᠠ᠃
ᠪᠦ᠋ ᠰᠢᠶᠤᠤ ᠯᠢᠨ᠂ ᠦᠨᠳᠦᠰᠦᠳᠡᠨ ᠤ ᠠᠵᠢᠯ ᠤᠨ ᠭᠤᠤᠯ ᠱᠤᠭᠤᠮ ᠢ ᠪᠠᠳᠤ ᠡᠵᠡᠮᠳᠡᠬᠦ ᠬᠡᠷᠡᠭᠳᠡᠢ᠃ ᠳᠠᠷᠠᠭ᠎ᠠ ᠵᠢᠯ ᠮᠠᠨ ᠤ ᠤᠯᠤᠰ ᠰᠢᠨ᠎ᠡ ᠬᠦᠭᠵᠢᠯᠳᠡ ᠶᠢᠨ ᠱᠠᠳᠤᠨ ᠳᠤ ᠤᠷᠤᠵᠥ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠬᠦ ᠪᠠᠷ ᠪᠠᠶᠢᠵᠥ᠂ ᠦᠨᠳᠦᠰᠦᠳᠡᠨ ᠤ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠪᠠ᠃ ᠨᠠᠮ ᠤᠨ ᠠᠷᠪᠠ ᠶᠢᠰᠤᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠦᠨᠳᠦᠰᠦᠳᠡᠨ ᠤ ᠠᠵᠢᠯ ᠤᠨ ᠳᠤᠬᠠᠢ ᠪᠠᠶᠢᠷᠢᠯᠠᠭᠤᠯᠤᠯᠳᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠤᠨ ᠪᠤᠳᠠᠳᠠᠢ ᠳᠤᠬᠢᠷᠠᠭᠤᠯᠤᠯᠳᠠ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠳᠡᠨ ᠤ ᠬᠠᠮᠳᠤ ᠴᠤᠬᠴᠠ ᠶᠢᠨ ᠤᠬᠠᠮᠰᠠᠷ ᠢ ᠪᠠᠳᠤ ᠴᠤᠬᠴᠠᠯᠠᠬᠤ ᠡᠨᠡ ᠬᠦ ᠰᠢᠨ᠎ᠡ ᠴᠠᠬ ᠦᠶ᠎ᠡ ᠶᠢᠨ ᠦᠨᠳᠦᠰᠦᠳᠡᠨ ᠤ ᠠᠵᠢᠯ ᠤᠨ ᠭᠤᠤᠯ ᠱᠤᠭᠤᠮ ᠢ ᠪᠠᠳᠤ ᠡᠵᠡᠮᠳᠡᠵᠥ᠂ ᠡᠨᠡ ᠬᠦ ᠭᠤᠤᠯ ᠱᠤᠭᠤᠮ ᠢ ᠢᠮᠠᠬᠳᠠ ᠢᠯᠡ ᠳᠤᠳᠤᠷᠬᠠᠢ ᠳᠤᠪᠤᠶᠢᠯᠭᠠᠨ᠂ ᠰᠢᠨ᠎ᠡ ᠬᠦᠭᠵᠢᠯᠳᠡ ᠶᠢᠨ ᠱᠠᠳᠤ ᠦᠶ᠎ᠡ ᠶᠢᠨ ᠦᠨᠳᠦᠰᠦᠳᠡᠨ ᠤ ᠠᠵᠢᠯ ᠢ ᠨᠠᠷᠢᠯᠢᠭ ᠳᠦᠯᠦᠪᠵᠢᠬᠦᠯᠤᠨ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃
ᠪᠦ᠋ ᠰᠢᠶᠤᠤ ᠯᠢᠨ᠂ ᠰᠤᠷᠳᠠᠯ ᠤᠨ ᠪᠠᠶᠢᠭᠤᠯᠤᠯᠳᠠ ᠪᠤᠯᠤᠨ ᠴᠢᠳᠠᠪᠤᠷᠢ ᠶᠢᠨ ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠬᠤ ᠬᠡᠷᠡᠭᠳᠡᠢ᠃ ᠵᠤᠷᠢᠯᠳᠠ ᠶᠢᠨ ᠤᠬᠠᠮᠰᠠᠷ ᠢ ᠴᠢᠩᠭᠠᠷᠠᠭᠤᠯᠤᠨ᠂ ᠨᠠᠮ ᠤᠨ ᠤᠯᠠᠨ ᠳᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠥ᠂ ᠦᠨᠡᠨ ᠬᠦ ᠬᠠᠷᠢᠭᠤᠴᠠᠯᠭ᠎ᠠ ᠲᠠᠢ ᠪᠠᠷ᠂ ᠬᠠᠶᠢᠷ᠎ᠠ ᠰᠠᠳᠬᠢᠯᠬᠡ ᠲᠠᠢ ᠪᠠᠷ ᠦᠨᠳᠦᠰᠦᠳᠡᠨ ᠤ ᠠᠵᠢᠯ ᠢ ᠦᠷᠨᠢᠬᠦᠯᠬᠦ ᠬᠡᠷᠡᠭᠳᠡᠢ᠃ ᠪᠠᠶᠢᠴᠠᠭᠠᠨ ᠰᠤᠳᠤᠯᠤᠯᠳᠠ ᠶᠢ ᠴᠢᠩᠭᠠᠳᠬᠠᠵᠥ᠂ ᠰᠢᠢᠳᠪᠦᠷᠢᠳᠤ ᠪᠤᠳᠤᠯᠭ᠎ᠠ ᠳᠤᠬᠳᠠᠭᠠᠬᠤ ᠠᠴᠠ ᠪᠠᠨ ᠡᠮᠤᠨ᠎ᠡ ᠪᠦᠷ ᠭᠦᠢᠴᠡᠳ ᠪᠠᠶᠢᠴᠠᠭᠠᠨ ᠰᠤᠳᠤᠯᠤᠯᠳᠠ ᠬᠢᠵᠥ᠂ ᠪᠠᠶᠢᠳᠠᠯ ᠠᠰᠠᠭᠤᠳᠠᠯ᠂ ᠠᠶᠤᠯ ᠳᠦᠭᠰᠢᠬᠦᠷᠢ ᠳᠠᠯᠳᠠ ᠬᠡᠮ ᠢ ᠲᠤᠳᠤᠷᠬᠠᠢ ᠤᠢᠢᠯᠠᠭᠠᠬᠤ ᠬᠡᠷᠡᠭᠳᠡᠢ᠃ ᠬᠠᠤᠯᠢᠵᠢᠯ ᠤᠨ ᠰᠡᠳᠬᠢᠬᠦᠢ ᠪᠤᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠦᠨᠳᠦᠰᠦᠳᠡᠨ ᠤ ᠠᠵᠢᠯ ᠢ ᠠᠬᠢᠭᠤᠯᠬᠤ᠂ ᠦᠨᠳᠦᠰᠦᠳᠡᠨ ᠤ ᠡᠯᠧᠮᠧᠨ᠋ᠲ ᠲᠤ ᠬᠤᠯᠪᠤᠬᠳᠠᠬᠰᠠᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠬᠡᠭᠰᠢᠯᠡᠭᠦᠯᠬᠦ ᠬᠡᠷᠡᠭᠳᠡᠢ᠃ ᠤᠳᠤᠷᠢᠳᠬᠤ ᠪᠠᠬ ᠤᠨ ᠪᠦᠷᠢᠯᠳᠦᠬᠦᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠪᠡᠶᠡᠯᠡᠬᠦᠯᠦᠭᠰᠡᠨ ᠪᠠᠶᠢᠳᠠᠯ ᠢ ᠳᠠᠬᠢᠨᠳᠠ ᠡᠮᠬᠢᠯᠡᠵᠥ᠂ ᠳᠠᠬᠢᠨᠳᠠ ᠱᠠᠯᠠᠪᠳᠠᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠴᠢᠨᠠᠬᠰᠢᠳᠠ ᠪᠤᠳᠠᠳᠠᠶᠢᠵᠢᠭᠤᠯᠵᠤ᠂ ᠦᠨᠳᠦᠰᠦᠳᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠥ᠂ ᠪᠤᠳᠠᠳᠤ ᠠᠵᠢᠯᠯᠠᠭ᠎ᠠ ᠪᠠᠷ ᠢᠶᠠᠨ ︽ᠵᠢᠱᠢᠶᠠᠴᠢ ᠦᠪᠡᠷᠳᠡᠬᠡᠨ ᠵᠠᠰᠠᠬᠤ ᠤᠷᠤᠨ︾ ᠤ ᠡᠷᠬᠢᠮ ᠳᠡᠬᠡᠳᠤ ᠢᠷᠠᠭᠤ ᠠᠯᠳᠠᠷ ᠢ ᠬᠠᠮᠠᠭᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃
ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠳᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠬᠤᠷᠠᠯ ᠳᠤ ᠰᠤᠯᠠ ᠤᠷᠤᠯᠴᠠᠵᠠᠢ᠃