  

ᠪᠦᠬᠦ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ

ᠴᠠᠭ 2020/12/29 14:35:00

       2020 12 ᠰᠠᠷ᠎ᠠ ᠶᠢᠨ 29 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠪᠦᠬᠦ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠥ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠬᠦᠳᠡᠭᠡ ᠳᠤᠰᠬᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠳᠤᠬᠠᠢ ᠪᠦᠬᠦ ᠤᠯᠤᠰ ᠤᠨ ᠲᠧᠯᠸᠢᠰ ᠤᠳᠠᠰᠤ ᠬᠤᠷᠠᠯ ᠤᠨ ᠵᠤᠷᠢᠬ ᠰᠠᠨᠠᠭ᠎ᠠ ᠶᠢ ᠤᠯᠠᠮᠵᠢᠯᠠᠵᠤ᠂ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠤᠷᠤᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠵᠢᠴᠢ ᠡᠨᠡ ᠡᠪᠤᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃
      ᠪᠦ᠋ ᠰᠢᠶᠤᠤ ᠯᠢᠨ᠂ ᠤᠳᠤᠬᠠᠨ ᠤ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠪᠠᠶᠢᠳᠠᠯ ᠡᠬᠡᠳᠡᠷᠡᠬᠡᠨ ᠪᠤᠳᠤᠯᠢᠶᠠᠨᠳᠠᠢ ᠬᠦᠨᠳᠤ ᠬᠡᠴᠡᠬᠦᠦ ᠪᠠᠶᠢᠨ᠎ᠠ᠃ ᠤᠨ ᠤ ᠰᠡᠬᠦᠯᠴᠢ ᠵᠢᠯ ᠤᠨ ᠡᠬᠢ ᠪᠤᠯᠬᠤ ᠪᠠᠷ᠂ ᠢᠯᠠᠩᠭᠤᠶ᠎ᠠ ᠴᠠᠭᠠᠨ ᠰᠠᠷ᠎ᠠ ᠦᠢᠷᠠᠳᠬᠤ ᠪᠠᠷ᠂ ᠬᠦᠮᠤᠨ ᠬᠠᠷ᠎ᠠ ᠶᠢᠨ ᠰᠢᠯᠵᠢᠯᠳᠡ ᠶᠡᠭᠡ᠂ ᠴᠤᠬᠯᠠᠷᠠᠬᠤ ᠴᠢᠨᠠᠷᠳᠠᠢ ᠠᠵᠢᠯᠯᠠᠭ᠎ᠠ ᠤᠯᠠᠨ ᠪᠤᠯᠳᠠᠭ ᠢᠶᠠᠷ᠂ ᠬᠢᠵᠢᠭ ᠬᠠᠯᠳᠠᠪᠤᠷᠢᠯᠠᠨ ᠳᠠᠷᠬᠠᠬᠤ ᠠᠶᠤᠯ ᠳᠦᠭᠰᠢᠬᠦᠷᠢ ᠨᠡᠮᠡᠭᠳᠡᠨ᠂ ᠰᠡᠷᠬᠡᠶᠢᠯᠡᠨ ᠡᠵᠡᠮᠳᠡᠬᠦ ᠬᠦᠴᠢᠷᠳᠡᠯ ᠶᠡᠬᠡᠰᠬᠦ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠦᠴᠦᠬᠡᠨ ᠴᠤ ᠲᠠᠶᠢᠪᠤᠰᠢᠷᠠᠬᠤ ᠪᠤᠳᠤᠯ᠂ ᠬᠠᠯᠠᠰᠢᠷᠠᠬᠤ ᠪᠤᠳᠤᠯ ᠤᠷᠤᠵᠤ ᠪᠤᠯᠬᠤ ᠦᠬᠡᠢ᠂ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠥ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠠᠵᠢᠯ ᠤᠨ ᠱᠠᠭᠠᠷᠳᠠᠯᠭ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠳᠤᠬᠢᠷᠠᠭᠤᠯᠤᠯᠳᠠ ᠪᠠᠶᠢᠷᠢᠯᠠᠭᠤᠯᠤᠯᠳᠠ ᠶᠤᠰᠤᠭᠠᠷ᠂ ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ᠂ ᠳᠤᠳᠤᠭᠠᠳᠤ ᠳᠠᠭᠠᠨ ᠳᠠᠬᠢᠨ ᠳᠡᠯᠬᠡᠷᠡᠬᠦ ᠶᠢ ᠰᠡᠷᠬᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠡᠷᠡ ᠶᠤᠰᠤᠭᠠᠷ ᠨᠢ ᠲᠦᠢᠯᠪᠤᠷᠢᠳᠠᠢ ᠨᠠᠶᠢᠳᠠᠪᠤᠷᠢᠵᠢᠭᠤᠯᠤᠨ᠂ ᠰᠢᠨ᠎ᠠ ᠵᠢᠯ ᠴᠠᠭᠠᠨ ᠰᠠᠷ᠎ᠠ ᠶᠢᠨ ᠬᠤᠭᠤᠴᠠᠭ᠎ᠠ ᠵᠢᠴᠢ ᠡᠨᠡ ᠡᠪᠤᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠠᠳᠬᠤᠬᠤ ᠬᠡᠷᠡᠭᠳᠡᠢ᠃ ᠬᠦᠮᠦᠨ ᠪᠤᠯᠭᠠᠨ ᠬᠤᠪᠢ ᠬᠦᠮᠦᠨ ᠤ ᠰᠡᠷᠬᠡᠶᠢᠯᠡᠯᠳᠡ ᠬᠠᠮᠠᠭᠠᠯᠠᠯᠳᠠ ᠪᠠᠨ ᠴᠢᠩᠭᠠᠳᠬᠠᠵᠥ᠂ ᠠᠮᠠᠪᠴᠢ ᠵᠡᠬᠦᠬᠦ᠂ ᠭᠠᠷ ᠢᠶᠠᠨ ᠦᠷᠬᠦᠯᠵᠢ ᠤᠬᠢᠶᠠᠬᠤ ᠵᠡᠷᠬᠡ ᠰᠠᠶᠢᠨ ᠰᠠᠶᠢᠬᠠᠨ ᠡᠷᠡᠬᠦᠯ ᠬᠠᠮᠠᠭᠠᠯᠠᠯ ᠤᠨ ᠳᠠᠳᠬᠠᠯ ᠢ ᠢᠮᠠᠬᠳᠠ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃
       ᠪᠦ᠋ ᠰᠢᠶᠤᠤ ᠯᠢᠨ᠂ ᠨᠠᠮ ᠤᠨ ᠳᠦᠪ ᠬᠤᠷᠢᠶᠠᠨ ᠤ ᠱᠠᠭᠠᠷᠳᠠᠯᠭ᠎ᠠ ᠶᠤᠰᠤᠭᠠᠷ᠂ ᠡᠷᠬᠡᠪᠰᠢ ᠤᠳᠠᠭᠠᠨ ᠳᠠᠭᠠᠭᠠᠮᠠᠭᠠᠢ ᠳᠠᠶᠢᠨ ᠬᠢᠬᠦ ᠦᠵᠡᠯ ᠰᠠᠨᠠᠭᠠᠨ ᠤ ᠪᠡᠯᠡᠳᠬᠡᠯ ᠪᠤᠯᠤᠨ ᠠᠵᠢᠯ ᠤᠨ ᠪᠠᠯᠡᠳᠬᠡᠯ ᠢ ᠰᠠᠶᠢᠳᠤᠷ ᠬᠢᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠳᠤᠷ ᠬᠢᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢ ᠵᠤᠬᠢᠴᠠᠭᠤᠯᠤᠨ ᠠᠬᠢᠭᠤᠯᠬᠤ ᠳᠤᠮᠳᠠ ᠤᠷᠳᠤ ᠬᠤᠭᠤᠴᠠᠭᠠᠨ ᠤ ᠳᠤᠬᠳᠠᠴᠠ ᠶᠢ ᠳᠦᠷᠬᠡᠪᠴᠢᠯᠡᠨ ᠪᠠᠶᠢᠭᠤᠯᠬᠤ ᠬᠡᠷᠡᠭᠳᠡᠢ᠃ ᠰᠡᠷᠬᠡᠶᠢᠯᠡᠨ ᠡᠵᠡᠮᠳᠡᠬᠦ ᠡᠳ᠋ ᠪᠤᠳᠠᠰ ᠪᠤᠯᠤᠨ ᠮᠡᠷᠬᠡᠵᠢᠯ ᠤᠨ ᠪᠠᠳᠤᠯᠠᠭ᠎ᠠ ᠶᠢ ᠴᠢᠩᠭᠠᠳᠬᠠᠵᠥ᠂ ᠪᠦᠬᠡᠮ ᠬᠦᠴᠢᠯ ᠤᠨ ᠰᠢᠯᠭᠠᠨ ᠪᠠᠶᠢᠴᠠᠭᠠᠯᠳᠠ᠂ ᠬᠦᠯᠢᠶᠡᠨ ᠠᠪᠴᠤ ᠡᠮᠨᠡᠨ ᠵᠠᠰᠠᠬᠤ ᠡᠮᠨᠡᠯᠬᠡ ᠶᠢᠨ ᠬᠤᠷᠢᠶ᠎ᠠ ᠶᠢᠨ ︽ᠭᠤᠷᠪᠠᠨ ᠤᠷᠤᠨ ᠬᠤᠶᠠᠷ ᠨᠡᠪᠳᠡᠷᠡᠬᠦ ᠵᠠᠮ ᠢ ᠦᠬᠡᠷᠡᠴᠢᠯᠡᠨ ᠪᠠᠶᠢᠭᠤᠯᠬᠤ︾᠂ ᠰᠡᠷᠭᠡᠶᠢᠯᠡᠯᠳᠡ ᠬᠠᠮᠠᠭᠠᠯᠠᠯᠳᠠ ᠶᠢᠨ ᠬᠡᠷᠡᠭᠰᠡᠯ ᠪᠤᠯᠤᠨ ᠪᠠᠴᠢᠮ ᠠᠪᠤᠷᠠᠯᠳᠠ ᠶᠢᠨ ᠳᠦᠬᠦᠬᠡᠷᠤᠮᠵᠢ ᠵᠡᠷᠬᠡ ᠡᠳ᠋ ᠪᠤᠳᠠᠰ ᠢᠶᠠᠨ ᠨᠦᠬᠡᠴᠡᠯᠡᠬᠦ ᠵᠢᠴᠢ ᠰᠡᠷᠬᠡᠶᠢᠯᠡᠨ ᠡᠵᠡᠮᠳᠡᠬᠦ ᠠᠵᠢᠯᠳᠠᠨ ᠤ ᠮᠡᠷᠬᠡᠵᠢᠯ ᠤᠨ ᠪᠤᠯᠪᠠᠰᠤᠷᠠᠯ ᠬᠢᠬᠡᠳ ᠰᠤᠷᠢᠯᠳᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠳᠦᠰᠦᠯ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠳᠤᠨ ᠳᠠᠭᠠᠬᠠᠤ ᠴᠢᠳᠠᠪᠤᠷᠢ ᠶᠢᠨ ᠪᠠᠶᠢᠭᠤᠯᠤᠯᠳᠠ ᠵᠡᠷᠬᠡ ᠠᠵᠢᠯ ᠢ ᠳᠦᠢᠯᠪᠤᠷᠢᠳᠠᠢ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃
       ᠪᠦ᠋ ᠰᠢᠶᠤᠤ ᠯᠢᠨ᠂ ᠤᠳᠤᠬᠠᠨ ᠳᠤ ᠠᠯᠢ ᠤᠯᠠᠨ ᠠᠵᠢᠯᠳᠠᠨ ᠡᠮᠤᠨ᠎ᠡ ᠹᠷᠤᠨᠲ ᠲᠤ ᠶᠠᠭᠠᠷᠠᠯᠳᠠᠢ ᠠᠵᠢᠯᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢᠨ ᠲᠦᠯᠦᠭᠡ ᠯᠤᠳᠤ ᠶᠡᠭᠡ ᠬᠤᠪᠢ ᠨᠡᠮᠡᠷᠢ ᠪᠠ ᠦᠷᠡᠭᠳᠡᠯ ᠭᠠᠷᠭᠠᠵᠥ ᠪᠠᠶᠢᠨ᠎ᠠ᠂ ᠨᠡᠶᠢᠬᠡᠮ ᠳᠠᠶᠠᠭᠠᠷ ᠢᠶᠠᠨ ᠲᠡᠳᠡᠨ ᠢ ᠬᠦᠨᠳᠦᠳᠬᠡᠨ ᠲᠠᠭᠠᠨ ᠰᠤᠷᠤᠯᠴᠠᠭᠤᠰᠢᠳᠠᠢ ᠶᠤᠮ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠡᠮᠤᠨ᠎ᠡ ᠹᠷᠤᠨᠲ ᠤᠨ ᠠᠵᠢᠯᠳᠠᠨ ᠤ ᠠᠵᠢᠯ ᠳᠤ ᠨᠡᠩ ᠰᠠᠶᠢᠨ ᠨᠦᠬᠦᠴᠡᠯ ᠪᠦᠷᠢᠯᠳᠦᠬᠦᠯᠤᠨ ᠦᠭᠴᠤ᠂ ᠨᠡᠩ ᠰᠠᠶᠢᠨ ᠬᠠᠮᠠᠭᠠᠯᠠᠯᠳᠠ ᠬᠠᠩᠭᠠᠵᠥ᠂ ᠵᠦᠢ ᠵᠤᠬᠢᠰᠳᠠᠢ ᠳᠤᠬᠢᠷᠠᠭᠤᠯᠤᠨ ᠬᠤᠭᠤᠴᠠᠭ᠎ᠠ ᠳᠤᠬᠳᠠᠭᠠᠨ ᠡᠬᠡᠯᠵᠢᠯᠡᠨ ᠵᠢᠵᠢᠬᠦᠷᠯᠡᠵᠥ᠂ ᠤᠷᠳᠤ ᠬᠤᠭᠤᠴᠠᠭ᠎ᠠ ᠪᠠᠷ ᠵᠦᠳᠡᠷᠡᠯᠳᠠᠢ ᠠᠵᠢᠯᠯᠠᠬᠤ ᠠᠴᠠ ᠵᠠᠶᠢᠯᠠᠰᠬᠢᠬᠤ ᠬᠡᠷᠡᠭᠳᠡᠢ ᠬᠡᠵᠥ ᠵᠢᠭᠠᠵᠥ ᠭᠠᠷᠭᠠᠪᠠ᠃
       ᠪᠦ᠋ ᠰᠢᠶᠤᠤ ᠯᠢᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠬᠤᠯᠠ ᠶᠡᠭᠡ ᠤᠯᠤᠰ ᠳᠦᠷᠦ ᠶᠢᠨ ᠡᠬᠦᠷᠬᠡ ᠪᠤᠯᠭᠠᠵᠥ᠂ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠤᠯᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠵᠢᠯᠤᠭᠤᠳᠬᠤ ᠪᠠᠶᠢᠭᠤᠯᠤᠮᠵᠢ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠨᠡᠨ ᠬᠦ ᠬᠠᠷᠢᠭᠤᠴᠠᠯᠭ᠎ᠠ ᠪᠠᠨ ᠭᠦᠢᠴᠡᠳᠭᠡᠵᠦ᠂ ᠭᠤᠤᠯ ᠤᠳᠤᠷᠢᠳᠤᠯᠭ᠎ᠠ ᠡᠮᠦᠨ᠎ᠠ ᠨᠢ ᠭᠠᠪᠰᠢᠭᠠᠢᠢᠯᠠᠨ ᠵᠢᠭᠠᠨ ᠵᠢᠯᠤᠭᠤᠳᠴᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠵᠢᠯ ᠬᠤᠪᠢᠶᠠᠨ ᠪᠠᠳᠤ ᠰᠠᠬᠢᠵᠥ᠂ ︽ᠳᠦᠷᠪᠡᠨ ᠳᠠᠯ᠎ᠠ ᠶᠢᠨ ᠬᠠᠷᠢᠭᠤᠴᠠᠯᠭ᠎ᠠ︾ ᠶᠢ ᠤᠯᠠᠮ ᠨᠢᠭᠡ ᠠᠯᠬᠤᠮ ᠴᠢᠩᠭᠠᠳᠬᠠᠨ ᠪᠤᠳᠠᠶᠢᠵᠢᠭᠤᠯᠤᠨ᠂ ︽ᠡᠷᠳᠡ ᠢᠯᠡᠷᠡᠭᠦᠯᠵᠦ᠂ ᠡᠷᠳᠡ ᠮᠡᠳᠡᠭᠦᠯᠤᠨ᠂ ᠡᠷᠳᠡ ᠲᠤᠰᠠᠭᠠᠷᠯᠠᠵᠦ᠂ ᠡᠷᠳᠡ ᠵᠠᠰᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠥ᠂ ᠬᠢᠵᠢᠭ ᠤᠨ ᠪᠠᠶᠢᠳᠠᠯ ᠳᠠᠬᠢᠨ ᠬᠡᠴᠡᠭᠦᠳᠡᠬᠦ ᠦᠬᠡᠢ ᠪᠠᠶᠢᠬᠤ ᠶᠢ ᠦᠨᠡᠨ ᠬᠦ ᠪᠠᠳᠤᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠦᠬᠦ ᠶᠢᠨ ᠢᠯᠠᠯᠳᠠ ᠶᠢ ᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃
ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠵᠠᠩ ᠱᠤᠤ ᠴᠦᠨ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠡᠸᠤ ᠶᠠᠩ ᠰᠢᠶᠤᠤ ᠬᠤᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠾᠧᠩ ᠰᠢᠶᠤᠤ ᠹᠠᠨ ᠬᠤᠷᠠᠯ ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠬᠠᠷᠢᠭᠤᠴᠠᠯᠭᠠᠳᠠᠨ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠲᠧᠯᠸᠢᠰ ᠤᠳᠠᠰᠤ ᠬᠤᠷᠠᠯ ᠤᠨ ᠵᠤᠷᠢᠬ ᠰᠠᠨᠠᠭ᠎ᠠ ᠶᠢ ᠤᠯᠠᠮᠵᠢᠯᠠᠪᠠ᠃
       ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠥ᠂ ᠡᠯ᠎ᠡ ᠠᠶᠢᠮᠠᠬ ᠬᠤᠳᠠ᠂ ᠬᠤᠰᠢᠭᠤ ᠰᠢᠶᠠᠨ ︵ᠬᠤᠳᠠ ᠳᠤᠭᠤᠷᠢᠬ︶ ᠳᠤ ᠬᠤᠪᠢᠶᠠᠷᠢ ᠬᠤᠷᠠᠯ ᠤᠨ ᠳᠠᠯᠠᠪᠠᠢ ᠳᠤᠬᠢᠷᠠᠭᠤᠯᠪᠠ᠃


           

                  010039   0471 522262511